ᠵᠢᠭᠤᠯᠴᠢᠯᠠᠭᠴᠢ ᠨᠢ ᠬᠡᠷᠡᠭᠯᠡᠭᠴᠢ | ᠪᠣᠯᠬᠤ ᠶᠢᠨ ᠬᠤᠪᠢ ᠳᠤ ᠬᠠᠤᠯᠢ | ᠴᠠᠭᠠᠵᠠ ᠠᠴᠠ ᠣᠯᠭᠤᠭᠰᠠᠨ ᠡᠷᠬᠡ ᠶᠢ | ᠮᠡᠳᠡᠬᠦ ᠬᠡᠷᠡᠭᠲᠡᠢ᠃ ᠮᠠᠨ ᠤ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠥᠰᠥᠯᠡᠪᠡᠯ᠂ | ᠵᠢᠭᠤᠯᠴᠢᠯᠠᠭᠴᠢ ᠭᠤᠣᠯᠳᠠᠭᠤ ᠳᠣᠣᠷᠠᠬᠢ | ᠬᠡᠳᠦᠨ ᠵᠦᠢᠯ ᠤᠨ ᠡᠷᠬᠡ ᠲᠠᠢ᠃ | ᠵᠢᠭᠤᠯᠴᠢᠯᠠᠬᠤ ᠪᠠᠨ ᠡᠵᠡᠨ ᠮᠡᠳᠡᠨ | ᠰᠤᠩᠭᠤᠬᠤ ᠡᠷᠬᠡ ᠵᠢᠭᠤᠯᠴᠢᠯᠠᠬᠤ ᠪᠠᠨ | ᠡᠵᠡᠨ ᠮᠡᠳᠡᠨ ᠰᠤᠩᠭᠤᠬᠤ ᠡᠷᠬᠡ ᠪᠣᠯ | ᠵᠢᠭᠤᠯᠴᠢᠯᠠᠭᠴᠢᠳ ᠤᠨ ᠦᠨᠳᠦᠰᠦᠨ ᠡᠷᠬᠡ | ᠪᠣᠯᠣᠨ᠎ᠠ᠃ ᠡᠩ ᠲᠡᠷᠢᠭᠦᠨ ᠳᠤ᠂ | ᠵᠢᠭᠤᠯᠴᠢᠯᠠᠭᠴᠢᠳ ᠦᠪᠡᠷ ᠤᠨ ᠬᠦᠰᠡᠯ | ᠰᠠᠨᠠᠭ᠎ᠠ ᠪᠠᠨ ᠦᠨᠳᠦᠰᠦᠯᠡᠨ᠂ | ᠵᠢᠭᠤᠯᠴᠢᠯᠠᠬᠤ ᠪᠠᠷ ᠵᠣᠷᠢᠭᠰᠠᠨ ᠭᠠᠵᠠᠷ᠂ | ᠵᠢᠭᠤᠯᠴᠢᠯᠠᠬᠤ ᠠᠷᠭ᠎ᠠ ᠮᠠᠶ᠋ᠢᠭ᠂ | ᠵᠢᠭᠤᠯᠴᠢᠯᠠᠬᠤ ᠴᠠᠭ ᠬᠤᠭᠤᠴᠠᠭ᠎ᠠ᠂ | ᠵᠢᠭᠤᠯᠴᠢᠯᠠᠬᠤ ᠲᠦᠷᠦᠯ ᠵᠦᠢᠯ ᠵᠡᠷᠭᠡ ᠶᠢ | ᠴᠢᠯᠦᠭᠡ ᠲᠠᠢ ᠪᠠᠷ ᠰᠤᠩᠭᠤᠵᠦ ᠪᠣᠯᠤᠨ᠎ᠠ᠃ | ᠵᠢᠭᠤᠯᠴᠢᠯᠠᠯ ᠤᠨ ᠦᠢᠯᠡᠴᠢᠯᠡᠭᠡᠨ ᠤ | ᠪᠠᠶᠢᠳᠠᠯ ᠢ ᠣᠶᠢᠯᠠᠭᠠᠨ᠂ ᠵᠢᠭᠤᠯᠴᠢᠯᠠᠯ | ᠡᠵᠡᠩᠨᠡᠭᠴᠢ ᠶᠢ ᠦᠢᠯᠡᠴᠢᠯᠡᠭᠡᠨ ᠤ | ᠠᠭᠤᠯᠭ᠎ᠠ᠂ ᠬᠡᠪᠴᠢᠶ᠎ᠡ᠂ ᠴᠠᠭ ᠬᠤᠭᠤᠴᠠᠭ᠎ᠠ᠂ | ᠵᠠᠷᠤᠳᠠᠯ ᠵᠡᠷᠭᠡ ᠶᠢ ᠱᠠᠭᠠᠷᠳᠠᠨ | ᠬᠠᠩᠭᠠᠯᠭᠠᠨ᠎ᠠ᠃ ᠬᠤᠶᠠᠳᠤᠭᠠᠷ ᠲᠤ᠂ | ᠵᠢᠭᠤᠯᠴᠢᠯᠠᠭᠴᠢᠳ ᠦᠪᠡᠷ ᠤᠨ ᠲᠣᠭᠲᠠᠭᠰᠠᠨ | ᠵᠢᠭᠤᠯᠴᠢᠯᠠᠬᠤ ᠠᠶᠠᠨ ᠵᠠᠮ ᠪᠤᠶᠤ | ᠵᠢᠭᠤᠯᠴᠢᠨ ᠳᠤ ᠦᠢᠯᠡᠴᠢᠯᠡᠬᠦ ᠭᠠᠵᠠᠷ ᠤᠨ | ᠬᠠᠩᠭᠠᠭᠰᠠᠨ ᠵᠢᠭᠤᠯᠴᠢᠯᠠᠬᠤ ᠵᠠᠮ ᠱᠤᠭᠤᠮ ᠢ | ᠦᠨᠳᠥᠰᠥᠯᠡᠨ᠂ ᠵᠢᠭᠤᠯᠴᠢᠨ ᠳᠤ | ᠦᠢᠯᠡᠴᠢᠯᠡᠬᠦ ᠭᠠᠵᠠᠷ ᠢ ᠡᠵᠡᠨ ᠮᠡᠳᠡᠨ | ᠰᠤᠩᠭᠤᠵᠦ ᠪᠣᠯᠤᠨ᠎ᠠ᠃ ᠣᠳᠣᠬᠠᠨ ᠳᠤ᠂ ᠮᠠᠨ ᠤ | ᠤᠯᠤᠰ ᠵᠢᠭᠤᠯᠴᠢᠨ ᠳᠤ ᠦᠢᠯᠡᠴᠢᠯᠡᠬᠦ | ᠭᠠᠵᠠᠷ ᠤᠨ ᠡᠵᠡᠩᠨᠡᠯᠲᠡ ᠶᠢᠨ ᠬᠡᠪᠴᠢᠶ᠎ᠡ | ᠶᠣᠰᠤᠭᠠᠷ᠂ ᠣᠯᠠᠨ ᠤᠯᠤᠰ ᠤᠨ ᠵᠢᠭᠤᠯᠴᠢᠨ ᠳᠤ | ᠦᠢᠯᠡᠴᠢᠯᠡᠬᠦ ᠭᠠᠵᠠᠷ ᠪᠣᠯᠣᠨ ᠤᠯᠤᠰ ᠤᠨ | ᠲᠣᠲᠤᠭᠠᠳᠦ ᠶᠢᠨ ᠵᠢᠭᠤᠯᠴᠢᠨ ᠳᠤ | ᠦᠢᠯᠡᠴᠢᠯᠡᠬᠦ ᠭᠠᠵᠠᠷ ᠭᠡᠵᠦ ᠬᠤᠪᠢᠶᠠᠵᠦ | ᠪᠣᠢ᠃ ᠣᠯᠠᠨ ᠤᠯᠤᠰ ᠤᠨ ᠵᠢᠭᠤᠯᠴᠢᠨ ᠳᠤ | ᠦᠢᠯᠡᠴᠢᠯᠡᠬᠦ ᠭᠠᠵᠠᠷ ᠤᠨ | ᠡᠵᠡᠩᠨᠡᠯᠳᠡ ᠶᠢᠨ ᠬᠡᠪᠴᠢᠶ᠎ᠡ ᠳᠤ | ᠬᠢᠯᠢ ᠪᠠᠷ ᠣᠷᠣᠬᠤ ᠵᠢᠭᠤᠯᠴᠢᠯᠠᠯ ᠤᠨ | ᠲᠤᠬᠠᠶᠢᠯᠠᠭᠰᠠᠨ ᠠᠵᠢᠯ᠂ ᠬᠢᠯᠢ ᠪᠠᠷ ᠭᠠᠷᠬᠤ | ᠵᠢᠭᠤᠯᠴᠢᠯᠠᠯ ᠤᠨ ᠲᠣᠬᠠᠶᠢᠯᠠᠭᠰᠠᠨ ᠠᠵᠢᠯ᠂ | ᠤᠯᠤᠰ ᠤᠨ ᠲᠣᠳᠤᠭᠠᠳᠤ ᠶᠢᠨ | ᠵᠢᠭᠤᠯᠴᠢᠯᠠᠯ ᠤᠨ ᠲᠣᠬᠠᠶᠢᠯᠠᠭᠰᠠᠨ ᠠᠵᠢᠯ᠂ | ᠤᠯᠤᠰ ᠤᠨ ᠲᠣᠳᠤᠭᠠᠳᠤ ᠶᠢᠨ ᠵᠢᠭᠤᠯᠴᠢᠨ ᠳᠤ | ᠦᠢᠯᠡᠴᠢᠯᠡᠬᠦ ᠭᠠᠵᠠᠷ ᠤᠨ | ᠡᠵᠡᠩᠨᠡᠯᠳᠡ ᠶᠢᠨ ᠬᠡᠪᠴᠢᠶ᠎ᠡ ᠨᠢ ᠵᠥᠪᠬᠡᠨ | ᠤᠯᠤᠰ ᠤᠨ ᠲᠣᠳᠤᠭᠠᠳᠤ ᠶᠢᠨ | ᠵᠢᠭᠤᠯᠴᠢᠯᠠᠯ ᠤᠨ ᠲᠣᠬᠠᠶᠢᠯᠠᠭᠰᠠᠨ | ᠠᠵᠢᠯ ᠢᠶᠠᠷ ᠬᠢᠵᠠᠭᠠᠷᠯᠠᠭᠳᠠᠨ᠎ᠠ᠃ ᠤᠯᠠᠨ | ᠤᠯᠤᠰ ᠤᠨ ᠵᠢᠭᠤᠯᠴᠢᠨ ᠳᠤ ᠦᠢᠯᠡᠴᠢᠯᠡᠬᠦ | ᠭᠠᠵᠠᠷ ᠨᠢ ᠬᠢᠯᠢ ᠪᠠᠷ ᠭᠠᠷᠬᠤ | ᠵᠢᠭᠤᠯᠴᠢᠯᠠᠯ ᠤᠨ ᠲᠤᠬᠠᠶᠢᠯᠠᠭᠰᠠᠨ | ᠠᠵᠢᠯ ᠢ ᠡᠵᠡᠩᠨᠡᠬᠦ ᠳᠤ ᠤᠯᠤᠰ ᠢᠶᠠᠷ | ᠵᠥᠪᠰᠢᠶᠡᠷᠡᠬᠦᠯᠬᠦ ᠬᠡᠷᠡᠭᠲᠡᠢ ᠪᠠᠶᠢᠳᠠᠭ᠃ | | ᠵᠢᠭᠤᠯᠴᠢᠯᠠᠯ ᠤᠨ ᠦᠢᠯᠡᠴᠢᠯᠡᠭᠡᠨ ᠤ | ᠪᠠᠶᠢᠳᠠᠯ ᠢ ᠣᠶᠢᠯᠠᠭᠠᠬᠤ ᠡᠷᠬᠡ | ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠠᠤᠯᠢ︾ ᠶᠢᠨ 8 ᠳ᠋ᠤᠭᠠᠷ ᠵᠦᠢᠯ ᠳᠤ᠄ ︽ᠬᠡᠷᠡᠭᠯᠡᠭᠴᠢᠳ ᠬᠤᠳᠠᠯᠳᠤᠨ ᠠᠪᠤᠭᠰᠠᠨ᠂ | ᠬᠡᠷᠡᠭᠯᠡᠵᠦ ᠪᠠᠶᠢᠭ᠎ᠠ ᠲᠠᠸᠠᠷ ᠪᠤᠶᠤ ᠬᠦᠯᠢᠶᠡᠨ ᠠᠪᠤᠭᠰᠠᠨ ᠦᠢᠯᠡᠴᠢᠯᠡᠭᠡᠨ ᠤ ᠦᠨᠡᠨ | ᠪᠤᠳᠠᠲᠠᠢ ᠪᠠᠶᠢᠳᠠᠯ ᠢ ᠣᠶᠢᠯᠠᠭᠠᠵᠤ ᠮᠡᠳᠡᠬᠦ ᠡᠷᠬᠡ ᠲᠠᠢ︾ ᠭᠡᠵᠦ ᠲᠣᠳᠤᠷᠬᠠᠢ | ᠲᠤᠭᠲᠠᠭᠠᠭᠰᠠᠨ ᠪᠠᠶᠢᠳᠠᠭ᠃ ᠵᠢᠭᠤᠯᠴᠢᠯᠠᠭᠴᠢᠳ ᠵᠢᠭᠤᠯᠴᠢᠯᠠᠯ ᠤᠨ ᠦᠢᠯᠡᠴᠢᠯᠡᠭᠡ | ᠬᠦᠯᠢᠶᠡᠬᠦ ᠳᠡᠭᠡᠨ᠂ ᠵᠢᠭᠤᠯᠴᠢᠯᠠᠯ ᠡᠵᠡᠩᠨᠡᠭᠴᠢᠳ ᠠᠴᠠ ᠵᠢᠭᠤᠯᠴᠢᠯᠠᠭᠴᠢᠳ ᠲᠤ ᠦᠨᠡᠨ | ᠪᠤᠳᠠᠲᠠᠢ ᠮᠡᠳᠡᠭᠡ ᠵᠠᠩᠭᠢ ᠬᠠᠩᠭᠠᠬᠤ ᠡᠭᠦᠷᠭᠡ ᠶᠢ ᠬᠠᠷᠢᠭᠤᠴᠠᠵᠤ᠂ ᠵᠢᠭᠤᠯᠴᠢᠯᠠᠭᠴᠢᠳ ᠢ | ᠮᠡᠬᠡᠯᠡᠨ ᠬᠢᠬᠠᠵᠤ ᠬᠠᠭᠤᠷᠴᠤ ᠪᠣᠯᠬᠤ ᠦᠭᠡᠢ᠂ ᠵᠢᠭᠤᠯᠴᠢᠯᠠᠭᠴᠢᠳ ᠵᠠᠮ ᠬᠠᠷᠢᠯᠴᠠᠭᠠᠨ ᠤ | ᠪᠠᠭᠠᠵᠢ ᠶᠢᠨ ᠪᠠᠷᠢᠮᠵᠢᠶ᠎ᠠ᠂ ᠵᠤᠭᠠᠴᠠᠨ ᠦᠵᠡᠬᠦ ᠦᠵᠡᠮᠵᠢ᠂ ᠬᠤᠨᠤᠭ ᠤᠨ ᠪᠠᠷᠢᠮᠵᠢᠶ᠎ᠠ᠂ | ᠬᠤᠭᠤᠯᠠ ᠤᠮᠳᠠ ᠶᠢᠨ ᠪᠠᠷᠢᠮᠵᠢᠶ᠎ᠠ᠂ ᠨᠠᠶᠢᠷ ᠨᠠᠭᠠᠳᠤᠮ ᠤᠨ ᠪᠠᠷᠢᠮᠵᠢᠶ᠎ᠠ᠂ ᠪᠠᠷᠠᠭ᠎ᠠ | ᠬᠤᠳᠠᠯᠳᠤᠨ ᠠᠪᠬᠤ ᠤᠳᠠᠭ᠎ᠠ︔ ᠵᠢᠭᠤᠯᠴᠢᠯᠠᠯ ᠤᠨ ᠦᠨ᠎ᠡ ᠬᠠᠩᠰᠢ︔ ᠭᠡᠷ᠎ᠡ ᠠᠴᠠ | ᠵᠦᠷᠢᠴᠡᠭᠰᠡᠨ ᠤ ᠬᠠᠷᠢᠭᠤᠴᠠᠯᠭ᠎ᠠ ᠵᠡᠷᠭᠡ ᠶᠢ ᠪᠠᠭᠲᠠᠭᠠᠭᠰᠠᠨ ᠵᠢᠭᠤᠯᠴᠢᠯᠠᠬᠤ ᠠᠶᠠᠨ | ᠵᠠᠮ ᠤᠨ ᠲᠣᠬᠢᠷᠠᠭᠤᠯᠭ᠎ᠠ ᠶᠢ ᠨᠠᠷᠢᠨ ᠪᠤᠳᠠᠲᠠᠢ ᠣᠶᠢᠯᠠᠭᠠᠬᠤ ᠬᠡᠷᠡᠭᠲᠡᠢ᠃ | ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠩᠭᠠᠭᠰᠠᠨ ᠵᠢᠭᠤᠯᠴᠢᠯᠠᠬᠤ ᠵᠠᠮ ᠱᠤᠭᠤᠮ ᠤᠨ | ᠬᠦᠰᠥᠨᠥᠭᠲᠦ ᠪᠣᠯ ᠭᠡᠷ᠎ᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠬᠤ ᠲᠤᠯᠠ᠂ ᠭᠡᠷ᠎ᠡ | ᠲᠣᠭᠲᠠᠬᠤ ᠠᠴᠠ ᠡᠮᠦᠨ᠎ᠡ ᠵᠠᠪᠠᠯ ᠨᠠᠷᠢᠨ ᠨᠢᠮᠪᠠᠢ ᠤᠩᠰᠢᠵᠦ ᠦᠵᠡᠬᠦ ᠬᠡᠷᠡᠭᠲᠡᠢ᠃ | ᠲᠣᠭᠲᠠᠭᠰᠠᠨ ᠭᠡᠷ᠎ᠡ ᠨᠢ ᠵᠢᠭᠤᠯᠴᠢᠨ ᠳᠤ ᠦᠢᠯᠡᠴᠢᠯᠡᠬᠦ ᠭᠠᠵᠠᠷ ᠠᠴᠠ ᠵᠢᠭᠤᠯᠴᠢᠯᠠᠯ ᠤᠨ | ᠭᠡᠷ᠎ᠡ ᠶᠢᠨ ᠦᠯᠢᠭᠡᠷ ᠳᠡᠪᠲᠡᠷ ᠤᠨ ᠶᠣᠰᠣᠭᠠᠷ᠂ ᠵᠢᠭᠤᠯᠴᠢᠯᠠᠬᠤ ᠠᠶᠠᠨ ᠵᠠᠮ ᠤᠨ | ᠲᠣᠬᠢᠷᠠᠭᠤᠯᠭ᠎ᠠ︔ ᠵᠢᠭᠤᠯᠴᠢᠯᠠᠯ ᠤᠨ ᠦᠨ᠎ᠡ ᠬᠠᠩᠰᠢ︔ ᠭᠡᠷ᠎ᠡ ᠠᠴᠠ ᠵᠦᠷᠢᠴᠡᠭᠰᠡᠨ ᠤ | ᠬᠠᠷᠢᠭᠤᠴᠠᠯᠭ᠎ᠠ ᠵᠡᠷᠭᠡ ᠶᠢ ᠲᠣᠳᠤᠷᠬᠠᠢ ᠪᠣᠯᠵᠣᠨ ᠲᠣᠭᠲᠠᠭᠰᠠᠨ ᠪᠠᠶᠢᠬᠤ ᠬᠡᠷᠡᠭᠲᠡᠢ᠃ | ᠵᠢᠭᠤᠯᠴᠢᠯᠠᠯ ᠤᠨ ᠡᠷᠬᠡ ᠲᠡᠭᠰᠢ ᠪᠠᠷ ᠠᠷᠠᠯᠵᠢᠶᠠᠯᠠᠬᠤ ᠡᠷᠬᠡ ᠡᠷᠬᠡ ᠲᠡᠭᠰᠢ ᠪᠠᠷ | ᠠᠷᠠᠯᠵᠢᠶᠠᠯᠠᠬᠤ ᠡᠷᠬᠡ ᠭᠡᠳᠡᠭ ᠨᠢ ᠵᠢᠭᠤᠯᠴᠢᠯᠠᠯ ᠡᠵᠡᠩᠨᠡᠭᠴᠢ ᠠᠴᠠ | ᠵᠢᠭᠤᠯᠴᠢᠯᠠᠭᠴᠢᠳ ᠯᠤᠭ᠎ᠠ ᠭᠡᠷ᠎ᠡ ᠲᠣᠭᠲᠠᠬᠤ ᠶᠢᠨ ᠬᠠᠮᠲᠤ ᠲᠥᠪ ᠭᠤᠣᠯᠴᠢ᠂ ᠡᠷᠬᠡ ᠲᠡᠭᠰᠢ᠂ | ᠦᠨᠡᠨᠴᠢ ᠰᠢᠳᠤᠷᠭᠤ᠂ ᠢᠲᠡᠭᠡᠯ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ | ᠵᠢᠭᠤᠯᠴᠢᠯᠠᠯ ᠡᠵᠡᠩᠨᠡᠭᠴᠢ ᠠᠴᠠ ᠠᠯᠪᠠᠳᠠᠯᠭ᠎ᠠ ᠪᠠᠷ ᠪᠤᠶᠤ ᠵᠢᠭᠤᠯᠴᠢᠯᠠᠭᠴᠢᠳ ᠤᠨ | ᠬᠦᠰᠡᠯ ᠰᠠᠨᠠᠭ᠎ᠠ ᠶᠢ ᠵᠦᠷᠢᠴᠡᠭᠰᠡᠨ ᠤᠷᠤᠮᠴᠢᠯᠠᠭᠰᠠᠨ ᠦᠢᠯᠡᠴᠢᠯᠡᠭᠡ ᠬᠠᠩᠭᠠᠵᠤ ᠪᠣᠯᠬᠤ | ᠦᠭᠡᠢ᠂ ᠭᠡᠷ᠎ᠡ ᠳᠤ ᠵᠢᠭᠤᠯᠴᠢᠯᠠᠯ ᠡᠵᠡᠩᠨᠡᠭᠴᠢ ᠶᠢᠨ ᠵᠢᠭᠤᠯᠴᠢᠯᠠᠭᠴᠢᠳ ᠲᠤ | ᠭᠦᠢᠴᠡᠳᠬᠡᠬᠦ ᠡᠭᠦᠷᠭᠡ᠂ ᠵᠢᠱᠢᠶᠡᠯᠡᠪᠡᠯ ᠵᠠᠮᠴᠢᠯᠠᠬᠤ ᠦᠢᠯᠡᠴᠢᠯᠡᠭᠡ᠂ ᠵᠢᠭᠤᠯᠴᠢᠯᠠᠯ | ᠡᠵᠡᠩᠨᠡᠭᠴᠢ ᠶᠢᠨ ᠭᠡᠷ᠎ᠡ ᠠᠴᠠ ᠵᠦᠷᠢᠴᠡᠭᠰᠡᠨ ᠤ ᠬᠠᠷᠢᠭᠤᠴᠠᠯᠭ᠎ᠠ᠂ | ᠵᠢᠭᠤᠯᠴᠢᠯᠠᠬᠤ ᠳᠠᠬᠢ ᠰᠠᠨᠠᠭᠠᠨ ᠳᠤ ᠦᠭᠡᠢ ᠠᠳᠡᠯ ᠤᠨ ᠳᠠᠭᠠᠳᠬᠠᠯ ᠵᠡᠷᠭᠡ ᠶᠢ ᠲᠣᠳᠣᠷᠬᠠᠢ | ᠪᠢᠴᠢᠬᠦ ᠬᠡᠷᠡᠭᠲᠡᠢ᠃ ᠵᠢᠭᠤᠯᠴᠢᠯᠠᠯ ᠡᠵᠡᠩᠨᠡᠭᠴᠢ ᠵᠢᠭᠤᠯᠴᠢᠯᠠᠯ ᠤᠨ ᠰᠦᠢᠳᠬᠡᠯ | ᠬᠤᠷᠢᠶᠠᠬᠤ ᠳᠠᠭᠠᠨ᠂ ᠡᠷᠬᠡᠪᠰᠢ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠣᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠬᠤᠯᠪᠣᠭᠳᠠᠯ ᠪᠦᠬᠦᠢ ᠵᠢᠭᠤᠯᠴᠢᠯᠠᠯ ᠤᠨ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃ ᠵᠢᠭᠤᠯᠴᠢᠯᠠᠯ ᠡᠵᠡᠩᠨᠡᠭᠴᠢ ᠠᠴᠠ | ᠵᠢᠭᠤᠯᠴᠢᠯᠠᠭᠴᠢᠳ ᠢ ᠠᠯᠪᠠᠳᠠᠨ ᠬᠤᠪᠢ ᠪᠠᠷ ᠢᠶᠠᠨ ᠵᠠᠷᠤᠳᠠᠯ ᠭᠠᠷᠭᠠᠬᠤ ᠲᠦᠷᠦᠯ ᠵᠦᠢᠯ ᠳᠤ | ᠣᠷᠣᠯᠴᠠᠭᠤᠯᠵᠤ᠂ ᠠᠯᠪᠠᠳᠠᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠵᠦ᠂ ᠭᠠᠷ | ᠴᠠᠶᠢᠯᠭᠠᠬᠤ ᠮᠦᠩᠭᠦ ᠠᠪᠴᠤ ᠪᠣᠯᠬᠤ ᠦᠭᠡᠢ᠃ ᠦᠨ᠎ᠡ ᠬᠠᠩᠰᠢ ᠬᠢᠭᠡᠳ ᠦᠢᠯᠡᠴᠢᠯᠡᠭᠡ ᠪᠣᠯ | ᠬᠠᠷᠢᠯᠴᠠᠨ ᠵᠣᠬᠢᠴᠠᠯᠳᠤᠵᠦ ᠪᠠᠶᠢᠳᠠᠭ᠂ ᠬᠢᠮᠳᠠ ᠦᠨ᠎ᠡ ᠶᠢᠨ ᠮᠦᠷᠲᠡᠭᠡᠨ ᠦᠨᠳᠦᠷ ᠳᠡᠰ ᠤᠨ | ᠦᠢᠯᠡᠴᠢᠯᠡᠭᠡ ᠭᠡᠵᠦ ᠪᠠᠶᠢᠬᠤ ᠪᠣᠯᠣᠮᠵᠢ ᠦᠭᠡᠢ ᠭᠡᠳᠡᠭ ᠢ ᠵᠢᠭᠤᠯᠴᠢᠯᠠᠯ ᠤᠨ | ᠬᠡᠷᠡᠭᠯᠡᠭᠴᠢᠳ ᠲᠤ ᠰᠠᠨᠠᠭᠤᠯᠤᠶ᠎ᠠ᠃ | ᠪᠡᠶ᠎ᠡ ᠮᠠᠬᠠᠪᠤᠳ ᠡᠳ᠋ ᠬᠤᠭᠰᠢᠯ ᠤᠨ ᠠᠮᠤᠷ ᠲᠦᠪᠰᠢᠨ ᠳᠤ ᠬᠤᠬᠢᠷᠠᠯ ᠦᠯᠦ ᠤᠴᠠᠷᠠᠭᠤᠯᠬᠤ | ᠡᠷᠬᠡ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠪᠣᠯ | ᠵᠢᠭᠤᠯᠴᠢᠯᠠᠭᠴᠢᠳ ᠤᠨ ᠬᠠᠮᠤᠭ ᠠᠴᠠ ᠠᠩᠬᠠᠷᠬᠤ ᠶᠠᠪᠤᠳᠠᠯ ᠪᠣᠯᠬᠤ ᠪᠦᠭᠡᠳ ᠮᠥᠨ ᠴᠦ | ᠵᠥᠩᠳᠡᠭᠡᠨ ᠬᠢᠯᠪᠠᠷᠬᠠᠨ ᠡᠭᠦᠰᠳᠡᠭ ᠵᠢᠭᠤᠯᠴᠢᠯᠠᠯ ᠤᠨ ᠵᠢᠭᠤᠷᠠᠯᠳᠤᠭᠠᠨ ᠤ ᠭᠤᠭᠴᠤᠭ᠎ᠠ | ᠪᠣᠯᠣᠨ᠎ᠠ᠃ ᠵᠢᠱᠢᠶᠡᠯᠡᠪᠡᠯ᠂ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ | ᠬᠤᠭᠤᠴᠠᠭᠠᠨ ᠳᠤ ᠰᠠᠨᠠᠭᠠᠨ ᠳᠤ ᠦᠭᠡᠢ ᠠᠳᠡᠯ ᠭᠠᠷᠴᠦ᠂ ᠵᠢᠭᠤᠯᠴᠢᠯᠠᠭᠴᠢ ᠦᠬᠦᠵᠦ | ᠰᠢᠷᠬᠠᠲᠤᠬᠤ᠂ ᠲᠦᠷᠭᠡᠨ ᠴᠢᠨᠠᠷᠲᠠᠢ ᠡᠪᠡᠳᠴᠢᠨ ᠡᠮᠭᠡᠭ ᠭᠡᠨᠡᠳᠲᠡ ᠡᠭᠦᠰᠬᠦ ᠪᠤᠶᠤ ᠦᠬᠦᠬᠦ᠂ | ᠶᠠᠭᠤᠮ᠎ᠠ ᠬᠡᠤᠮ᠎ᠠ ᠨᠢ ᠭᠡᠭᠡᠭᠳᠡᠬᠦ᠂ ᠡᠪᠳᠡᠷᠡᠬᠦ ᠪᠤᠶᠤ ᠬᠤᠯᠠᠭᠠᠶᠢᠯᠠᠭᠳᠠᠬᠤ ᠵᠡᠷᠭᠡ ᠨᠢ | ᠴᠦᠮ ᠵᠢᠭᠤᠯᠴᠢᠯᠠᠭᠴᠢᠳ ᠤᠨ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠤ | ᠡᠷᠬᠡ ᠳᠤ ᠤᠴᠠᠷᠠᠭᠤᠯᠤᠭᠰᠠᠨ ᠬᠦᠨᠦᠭᠡᠯ ᠪᠣᠯᠣᠨ᠎ᠠ᠃ ᠵᠢᠭᠤᠯᠴᠢᠯᠠᠭᠴᠢᠳ ᠵᠢᠭᠤᠯᠴᠢᠯᠠᠬᠤ | ᠠᠵᠢᠯᠯᠠᠭ᠎ᠠ ᠬᠢᠵᠦ ᠪᠠᠶᠢᠬᠤ ᠶᠠᠪᠤᠴᠠ ᠳᠤ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ | ᠠᠮᠤᠷ ᠲᠦᠪᠰᠢᠨ ᠨᠢ ᠬᠠᠯᠳᠠᠯᠭ᠎ᠠ ᠳᠤ ᠦᠯᠦ ᠤᠴᠠᠷᠠᠬᠤ ᠪᠣᠯ ᠵᠢᠭᠤᠯᠴᠢᠯᠠᠭᠴᠢᠳ ᠲᠤ ᠪᠠᠶᠢᠬᠤ | ᠬᠠᠮᠤᠭ ᠤᠨ ᠦᠨᠳᠦᠰᠦᠨ ᠡᠷᠬᠡ ᠪᠣᠯᠬᠤ ᠲᠤᠯᠠ᠂ ᠵᠢᠭᠤᠯᠴᠢᠯᠠᠯ ᠡᠵᠡᠩᠨᠡᠭᠴᠢ ᠪᠦᠲᠦᠮᠵᠢᠲᠠᠢ | ᠠᠷᠭ᠎ᠠ ᠬᠡᠮᠵᠢᠶ᠎ᠡ ᠨᠦᠭᠦᠳ ᠢ ᠠᠪᠬᠤ ᠡᠭᠦᠷᠭᠡ ᠲᠠᠢ ᠪᠦᠭᠡᠳ ᠠᠮᠤᠷ ᠲᠦᠪᠰᠢᠨ | ᠵᠢᠭᠤᠯᠴᠢᠯᠠᠬᠤ ᠣᠷᠴᠢᠨ ᠲᠣᠭᠤᠷᠢᠨ ᠢ ᠡᠭᠦᠳᠴᠦ᠂ ᠵᠢᠭᠤᠯᠴᠢᠯᠠᠭᠴᠢᠳ ᠤᠨ ᠪᠡᠶ᠎ᠡ ᠮᠠᠬᠠᠪᠤᠳ | ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠢᠭᠤᠯᠴᠢᠨ ᠳᠤ | ᠦᠢᠯᠡᠴᠢᠯᠡᠬᠦ ᠭᠠᠵᠠᠷ ᠤᠳ ᠡᠵᠡᠩᠨᠡᠯᠲᠡ ᠶᠢᠨ ᠠᠵᠢᠯᠯᠠᠭ᠎ᠠ ᠳᠠᠭᠠᠨ ︽ᠵᠢᠭᠤᠯᠴᠢᠨ ᠳᠤ | ᠦᠢᠯᠡᠴᠢᠯᠡᠬᠦ ᠭᠠᠵᠠᠷ ᠤᠨ ᠬᠠᠮᠢᠶᠠᠷᠤᠯᠲᠠ ᠶᠢᠨ ᠳᠦᠷᠢᠮ︾ ᠤᠨ ᠬᠤᠷᠢᠨ ᠬᠤᠶᠠᠳᠤᠭᠠᠷ | ᠵᠦᠢᠯ ᠤᠨ ᠲᠣᠭᠲᠠᠭᠠᠯ ᠶᠣᠰᠤᠭᠠᠷ᠄ ︽ᠵᠢᠭᠤᠯᠴᠢᠨ ᠳᠤ ᠦᠢᠯᠡᠴᠢᠯᠡᠬᠦ ᠭᠠᠵᠠᠷ ᠤᠳ | ᠵᠢᠭᠤᠯᠴᠢᠯᠠᠯ ᠵᠤᠬᠢᠶᠠᠨ ᠪᠠᠶᠢᠭᠤᠯᠬᠤ ᠳᠤ᠂ ᠵᠢᠭᠤᠯᠴᠢᠯᠠᠭᠴᠢᠳ ᠲᠤ ᠵᠢᠭᠤᠯᠴᠢᠯᠠᠯ ᠤᠨ | ᠰᠠᠨᠠᠭᠠᠨ ᠲᠤ ᠦᠭᠡᠢ ᠠᠳᠡᠯ ᠤᠨ ᠳᠠᠭᠠᠳᠬᠠᠯ ᠢ ᠭᠦᠢᠴᠡᠳᠬᠡᠬᠦ ᠶᠢᠨ ᠬᠠᠮᠲᠤ ᠬᠠᠩᠭᠠᠬᠤ | ᠦᠢᠯᠡᠴᠢᠯᠡᠭᠡ ᠨᠢ ᠵᠢᠭᠤᠯᠴᠢᠯᠠᠭᠴᠢᠳ ᠤᠨ ᠪᠡᠶ᠎ᠡ ᠮᠠᠬᠠᠪᠤᠳ᠂ ᠡᠳ᠋ ᠬᠤᠭᠰᠢᠯ ᠤᠨ ᠠᠮᠤᠷ | ᠲᠦᠪᠰᠢᠨ ᠢ ᠪᠠᠳᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ︔ | ᠵᠢᠭᠤᠯᠴᠢᠯᠠᠭᠴᠢᠳ ᠤᠨ ᠪᠡᠶ᠎ᠡ ᠮᠠᠬᠠᠪᠤᠳ᠂ ᠡᠳ᠋ ᠬᠤᠭᠰᠢᠯ ᠤᠨ ᠠᠮᠤᠷ ᠲᠦᠪᠰᠢᠨ ᠳᠤ ᠠᠶᠤᠯ | ᠲᠦᠭᠰᠢᠭᠦᠷᠢ ᠪᠣᠯᠵᠦ ᠮᠡᠳᠡᠬᠦ ᠤᠴᠢᠷ ᠢ ᠵᠢᠭᠤᠯᠴᠢᠯᠠᠭᠴᠢᠳ ᠲᠤ ᠦᠨᠡᠨ ᠪᠤᠳᠠᠲᠠᠢ | ᠲᠣᠲᠤᠷᠬᠠᠶᠢᠯᠠᠵᠦ ᠦᠭᠬᠦ ᠪᠠ ᠲᠣᠳᠤᠷᠬᠠᠢ ᠰᠡᠷᠡᠮᠵᠢᠯᠡᠭᠦᠯᠬᠦ ᠶᠢᠨ ᠬᠠᠮᠲᠤ ᠬᠦᠨᠦᠭᠡᠯ | ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃︾ | ᠵᠢᠭᠤᠯᠴᠢᠯᠠᠯ ᠤᠨ ᠦᠢᠯᠡᠴᠢᠯᠡᠭᠡ ᠡᠳ᠋ᠯᠡᠬᠦ ᠡᠷᠬᠡ ᠵᠢᠭᠤᠯᠴᠢᠯᠠᠭᠴᠢᠳ ᠭᠡᠷ᠎ᠡ ᠳᠤ | ᠪᠣᠯᠵᠣᠨ ᠲᠣᠭᠲᠠᠭᠰᠠᠨ ᠦᠢᠯᠡᠴᠢᠯᠡᠭᠡ ᠡᠳ᠋ᠯᠡᠬᠦ ᠡᠷᠬᠡ ᠲᠠᠢ᠂ ᠵᠢᠭᠤᠯᠴᠢᠯᠠᠯ | ᠡᠵᠡᠩᠨᠡᠭᠴᠢ ᠶᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠠᠮ ᠬᠠᠷᠢᠯᠴᠠᠭ᠎ᠠ᠂ | ᠬᠤᠨᠤᠭ᠂ ᠬᠤᠭᠤᠯᠠ ᠤᠮᠳᠠ᠂ ᠵᠤᠭᠠᠴᠠᠨ ᠦᠵᠡᠬᠦ᠂ ᠵᠠᠮᠴᠢᠯᠠᠬᠤ ᠵᠡᠷᠭᠡ ᠦᠢᠯᠡᠴᠢᠯᠡᠭᠡ | ᠬᠠᠩᠭᠠᠯᠭᠠᠬᠤ ᠪᠠᠷ ᠱᠠᠭᠠᠷᠳᠠᠬᠤ ᠡᠷᠬᠡ ᠲᠠᠢ᠃ ᠵᠢᠭᠤᠯᠴᠢᠯᠠᠯ ᠡᠵᠡᠩᠨᠡᠭᠴᠢ ᠪᠣᠯᠵᠣᠭᠰᠠᠨ | ᠶᠤᠰᠤᠭᠠᠷ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠪᠦᠭᠡᠳ ᠬᠠᠩᠭᠠᠭᠰᠠᠨ | ᠦᠢᠯᠡᠴᠢᠯᠡᠭᠡ ᠨᠢ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠠᠴᠠ | ᠳᠣᠣᠷ᠎ᠠ ᠪᠠᠶᠢᠵᠤ ᠪᠣᠯᠬᠤ ᠦᠭᠡᠢ᠃ | ᠵᠢᠭᠤᠯᠴᠢᠯᠠᠯ ᠤᠨ ᠦᠢᠯᠡᠴᠢᠯᠡᠭᠡ ᠳᠤ ᠬᠢᠨᠠᠯᠲᠠ ᠲᠠᠯᠪᠢᠬᠤ ᠡᠷᠬᠡ ᠪᠠ ᠲᠦᠯᠦᠭᠦᠯᠬᠦ | ᠡᠷᠬᠡ ᠬᠢᠨᠠᠯᠲᠠ ᠲᠠᠯᠪᠢᠬᠤ ᠡᠷᠬᠡ ᠭᠡᠳᠡᠭ ᠨᠢ ᠵᠢᠭᠤᠯᠴᠢᠯᠠᠭᠴᠢᠳ ᠵᠢᠭᠤᠯᠴᠢᠯᠠᠬᠤ | ᠶᠠᠪᠤᠴᠠ ᠳᠤ᠂ ᠵᠢᠭᠤᠯᠴᠢᠯᠠᠯ ᠡᠵᠡᠩᠨᠡᠭᠴᠢ ᠶᠢᠨ ᠭᠡᠷ᠎ᠡ ᠳᠤ ᠪᠣᠯᠵᠣᠨ ᠲᠣᠭᠲᠠᠭᠰᠠᠨ ᠲᠦᠷᠦᠯ | ᠵᠦᠢᠯ᠂ ᠳᠡᠰ ᠤᠨ ᠶᠣᠰᠣᠭᠠᠷ ᠦᠢᠯᠡᠴᠢᠯᠡᠭᠡ ᠬᠠᠩᠭᠠᠵᠦ᠂ ᠬᠠᠩᠭᠠᠭᠰᠠᠨ ᠦᠢᠯᠡᠴᠢᠯᠡᠭᠡ ᠨᠢ | ᠤᠯᠤᠰ ᠵᠢᠴᠢ ᠠᠵᠢᠯ ᠲᠦᠷᠦᠯ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠬᠦᠷᠦᠭᠰᠡᠨ ᠡᠰᠡᠬᠦ᠂ | ᠲᠤᠰ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠬᠤᠬᠢᠷᠠᠯ ᠳᠤ ᠤᠴᠠᠷᠠᠬᠤ ᠦᠭᠡᠢ | ᠪᠠᠶᠢᠬᠤ ᠶᠢ ᠬᠠᠮᠠᠭᠠᠯᠠᠵᠦ ᠪᠠᠶᠢᠭ᠎ᠠ ᠳᠤ ᠬᠢᠨᠠᠯᠲᠠ ᠲᠠᠯᠪᠢᠬᠤ ᠡᠷᠬᠡ ᠲᠠᠢ ᠭᠡᠳᠡᠭ ᠢ | ᠵᠢᠭᠠᠵᠦ ᠪᠣᠢ᠃ | ᠵᠢᠭᠤᠯᠴᠢᠯᠠᠵᠦ ᠪᠠᠶᠢᠬᠤ ᠶᠠᠪᠤᠴᠠ ᠳᠤ ᠵᠢᠭᠤᠯᠴᠢᠯᠠᠯ ᠡᠵᠡᠩᠨᠡᠭᠴᠢ ᠭᠡᠷ᠎ᠡ ᠳᠤ ᠪᠣᠯᠵᠣᠨ | ᠲᠣᠭᠲᠠᠭᠰᠠᠨ ᠦᠢᠯᠡᠴᠢᠯᠡᠭᠡᠨ ᠤ ᠶᠠᠰᠦ ᠴᠢᠨᠠᠷ ᠤᠨ ᠪᠠᠷᠢᠮᠵᠢᠶ᠎ᠠ ᠳᠤ ᠬᠦᠷᠥᠭᠦᠯᠥᠭᠰᠡᠨ | ᠦᠭᠡᠢ︔ ᠤᠯᠤᠰ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠬᠦᠷᠦᠭᠦᠯᠥᠭᠰᠡᠨ ᠦᠭᠡᠢ︔ | ᠠᠯᠪᠠᠳᠠᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠤᠭᠰᠠᠨ᠂ ᠭᠠᠷ ᠴᠠᠶᠢᠯᠭᠠᠬᠤ ᠮᠦᠩᠭᠦ | ᠠᠪᠤᠭᠰᠠᠨ᠂ ᠬᠤᠪᠢ ᠪᠠᠷ ᠢᠶᠠᠨ ᠰᠦᠢᠳᠬᠡᠯ ᠭᠠᠷᠭᠠᠬᠤ ᠲᠦᠷᠦᠯ ᠵᠦᠢᠯ ᠳᠤ ᠠᠯᠪᠠᠳᠠᠵᠦ | ᠪᠠᠶᠢᠭᠠᠳ ᠤᠷᠤᠯᠴᠠᠭᠤᠯᠤᠭᠰᠠᠨ ᠵᠡᠷᠭᠡ ᠠᠰᠠᠭᠤᠳᠠᠯ ᠭᠠᠷᠤᠭᠰᠠᠨ ᠪᠣᠯ ᠵᠢᠭᠤᠯᠴᠢᠯᠠᠭᠴᠢᠳ | ᠭᠡᠷ᠎ᠡ ᠳᠤ ᠪᠣᠯᠵᠣᠨ ᠲᠤᠭᠲᠠᠭᠰᠠᠨ ᠢ ᠦᠨᠳᠥᠰᠥᠯᠡᠨ ᠵᠢᠭᠤᠯᠴᠢᠨ ᠳᠤ ᠦᠢᠯᠡᠴᠢᠯᠡᠬᠦ | ᠭᠠᠵᠠᠷ ᠲᠠᠢ ᠬᠡᠯᠡᠯᠴᠡᠵᠦ᠂ ᠬᠡᠯᠡᠯᠴᠡᠭᠡᠳ ᠪᠦᠲᠥᠬᠦ ᠦᠭᠡᠢ ᠪᠣᠯ ᠤᠷᠢᠳᠠᠪᠡᠷ | ᠵᠢᠭᠤᠯᠴᠢᠯᠠᠬᠤ ᠶᠠᠪᠤᠴᠠ ᠪᠠᠨ ᠳᠠᠭᠤᠰᠬᠠᠵᠤ᠂ ᠳᠠᠷᠠᠭ᠎ᠠ ᠨᠢ ᠵᠢᠭᠤᠷᠠᠯᠳᠤᠭᠠᠨ ᠢᠶᠠᠨ | ᠰᠢᠢᠳᠪᠦᠷᠢᠯᠡᠬᠦ ᠬᠡᠷᠡᠭᠲᠡᠢ᠃ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ ᠶᠠᠪᠤᠴᠠ ᠳᠤ | ᠬᠤᠯᠪᠣᠭᠳᠠᠯ ᠪᠦᠬᠦᠢ ᠫᠢᠶᠤᠤ ᠪᠠᠷᠢᠮᠲᠠ᠂ ᠦᠰᠥᠭ ᠪᠢᠴᠢᠭ ᠤᠨ ᠮᠠᠲ᠋ᠧᠷᠢᠶᠠᠯ ᠢᠶᠠᠨ | ᠬᠠᠳᠠᠭᠠᠯᠠᠬᠤ ᠶᠢ ᠠᠩᠬᠠᠷᠴᠤ᠂ ᠵᠢᠭᠤᠯᠴᠢᠯᠠᠯ ᠤᠨ ᠶᠠᠰᠦ ᠴᠢᠨᠠᠷ ᠤᠨ ᠠᠰᠠᠭᠤᠳᠠᠯ ᠭᠠᠷᠪᠠᠯ᠂ | ᠵᠢᠭᠤᠯᠴᠢᠨ ᠳᠤ ᠦᠢᠯᠡᠴᠢᠯᠡᠬᠦ ᠭᠠᠵᠠᠷ ᠢᠶᠠᠷ ᠲᠦᠯᠥᠭᠦᠯᠬᠦ ᠪᠠᠷ ᠦᠨᠳᠥᠰᠦ ᠪᠠᠷᠢᠮᠲᠠ ᠲᠠᠢ | ᠱᠠᠭᠠᠷᠳᠠᠵᠤ ᠪᠣᠯᠣᠨ᠎ᠠ᠃ ᠵᠢᠭᠤᠯᠴᠢᠨ ᠳᠤ ᠦᠢᠯᠡᠴᠢᠯᠡᠬᠦ ᠭᠠᠵᠠᠷ ᠭᠡᠷ᠎ᠡ ᠠᠴᠠ | ᠵᠦᠷᠢᠴᠡᠭᠰᠡᠨ ᠦᠢᠯᠡ ᠠᠵᠢᠯᠯᠠᠭ᠎ᠠ ᠲᠠᠢ ᠪᠣᠯ ᠵᠢᠭᠤᠯᠴᠢᠯᠠᠭᠴᠢᠳ ᠲᠦᠯᠥᠭᠦᠯᠬᠦ ᠪᠠᠷ | ᠱᠠᠭᠠᠷᠳᠠᠬᠤ ᠡᠷᠬᠡ ᠲᠠᠢ᠃ ᠵᠢᠭᠤᠯᠴᠢᠯᠠᠭᠴᠢᠳ ᠵᠢᠭᠤᠯᠴᠢᠯᠠᠯ ᠤᠨ ᠦᠢᠯᠡᠴᠢᠯᠡᠭᠡᠨ ᠤ ᠶᠠᠰᠦ | ᠴᠢᠨᠠᠷ ᠤᠨ ᠠᠰᠠᠭᠤᠳᠠᠯ ᠢ ᠵᠢᠭᠤᠯᠴᠢᠨ ᠳᠤ ᠦᠢᠯᠡᠴᠢᠯᠡᠬᠦ ᠭᠠᠵᠠᠷ ᠯᠤᠭ᠎ᠠ ᠵᠥᠪᠳᠡᠯᠴᠡᠭᠡᠳ | ᠰᠢᠢᠳᠪᠦᠷᠢᠯᠡᠵᠦ ᠪᠣᠯᠤᠨ᠎ᠠ᠂ ᠵᠦᠪᠳᠡᠯᠴᠡᠭᠡᠳ ᠪᠦᠲᠥᠬᠦ ᠦᠭᠡᠢ ᠪᠣᠯ ᠵᠢᠭᠤᠯᠴᠢᠯᠠᠭᠴᠢᠳ | ᠵᠢᠭᠤᠯᠴᠢᠯᠠᠯ ᠤᠨ ᠶᠠᠰᠦ ᠴᠢᠨᠠᠷ ᠲᠤ ᠬᠢᠨᠠᠯᠲᠠ ᠲᠠᠯᠪᠢᠵᠦ ᠬᠠᠮᠢᠶᠠᠷᠬᠤ ᠭᠠᠵᠠᠷ ᠲᠤ | ᠵᠠᠭᠠᠯᠳᠤᠯᠭ᠎ᠠ ᠬᠢᠬᠦ ᠡᠷᠬᠡ ᠲᠠᠢ︔ ᠵᠢᠭᠤᠯᠴᠢᠯᠠᠭᠴᠢᠳ ᠪᠠᠰᠠ ᠰᠢᠭᠤᠳ ᠠᠷᠠᠳ ᠤᠨ ᠰᠢᠭᠦᠬᠦ | ᠬᠤᠷᠢᠶ᠎ᠠ ᠳᠤ ᠢᠷᠭᠡᠨ ᠤ ᠬᠡᠷᠡᠭ ᠤᠨ ᠵᠠᠷᠭᠤ ᠬᠢᠬᠦ ᠡᠷᠬᠡ ᠲᠠᠢ᠃ | |