ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ ᠬᠤᠳᠠᠯᠳᠤᠭ᠎ᠠ ᠡᠵᠡᠩᠨᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠲᠠᠨ  ᠳᠤ ᠬᠠᠨᠢ ᠪᠣᠯᠭᠠᠶ᠎ᠠᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴ
ᠨᠡᠶᠢᠲᠡᠯᠡᠭᠰᠡᠨ ᠴᠠᠭ᠄
2023/4/4

2023 ᠣᠨ ᠳᠤ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ ᠬᠢᠨ ᠨᠠᠮ ᠤᠨ ᠬᠣᠷᠢᠳᠤᠭᠠᠷ ᠶᠡᠬᠡ ᠬᠤᠷᠠᠯ ᠤᠨ

ᠵᠣᠷᠢᠭᠰᠠᠨᠠᠭ᠎ᠠ ᠶᠢ ᠪᠥᠬᠥ ᠲᠠᠯ᠎ᠠ ᠪᠠᠷ ᠲᠤᠸᠱᠯᠠᠭᠤᠯᠤᠨ ᠨᠠᠶᠢᠳᠠᠪᠤᠷᠢᠵᠢᠭᠤᠯᠵᠤ ᠂

ᠪᠠᠭᠤᠯᠭᠠᠬᠤᠬᠠᠮᠢᠶᠠᠷᠬᠤ ᠦᠶᠯᠡᠴᠢᠯᠡᠬᠦ

ᠥᠭᠡᠷᠡᠴᠢᠯᠡᠯᠲᠡ

ᠪᠠ ᠪᠠᠷᠢᠮᠵᠢᠶᠠᠵᠢᠭᠤᠯᠬᠤ ᠵᠢᠷᠤᠮᠵᠢᠭᠤᠯᠬᠤᠳᠥᠭᠥᠮᠴᠢᠯᠡᠬᠦ ᠪᠠᠶᠢᠭᠤᠯᠤᠯᠲᠠ ᠵᠢᠴᠢ 2023 ᠣᠨ ᠤ ᠬᠤᠳᠠᠯᠳᠤᠭ᠎ᠠ ᠡᠷᠭᠢᠯᠡᠬᠦ

ᠣᠷᠴᠢᠨ ᠨᠥᠬᠥᠴᠡᠯ ᠢ ᠰᠢᠯᠢᠳᠡᠭᠵᠢᠭᠦᠯᠦᠨ ᠰᠢᠯᠢᠳᠡᠭᠪᠣᠯᠬᠤ ᠪᠠᠷ ᠴᠢᠷᠮᠠᠶᠢᠬᠤ ᠣᠨ ᠤ ᠲᠤᠰᠬᠠᠶ ᠠᠵᠢᠯᠯᠠᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ ᠂ᠵᠠᠰᠠᠭ ᠤᠨ ᠶᠠᠪᠤᠳᠠᠯ ᠤᠨ ᠦᠶᠯᠡᠴᠢᠯᠡᠭᠡᠨ ᠦ

ᠴᠢᠳᠠᠪᠤᠷᠢ ᠶᠢᠨ ᠳᠡᠭᠡᠭᠰᠢᠯᠡᠯᠲᠡ ᠶᠢ ᠶᠡᠬᠡ ᠪᠡᠷ ᠳᠥᠯᠭᠢᠨᠠᠬᠢᠭᠤᠯᠵᠤ ᠂ ᠬᠤᠳᠠᠯᠳᠤᠭ᠎ᠠ

ᠡᠷᠭᠢᠯᠡᠬᠦ ᠣᠷᠴᠢᠨ ᠨᠥᠬᠥᠴᠡᠯ ᠦᠨ ᠬᠤᠷᠳᠤᠴᠠ ᠶᠢ ᠨᠡᠮᠡᠭᠳᠡᠭᠦᠯᠦᠨ ᠂ ᠪᠥᠬᠥᠬᠣᠰᠢᠭᠤᠨ ᠤ ᠠᠵᠤ

ᠠᠬᠤᠶ ᠨᠡᠶᠢᠭᠡᠮ ᠦᠨ ᠴᠢᠨᠠᠷ ᠰᠠᠶᠢᠲᠠᠶ ᠬᠥᠭᠵᠢᠯᠲᠡ ᠳᠦ ᠵᠠᠰᠠᠭ ᠤᠨ ᠶᠠᠪᠤᠳᠠᠯ ᠤᠨᠬᠦᠴᠦᠨ ᠨᠡᠮᠡᠷᠢᠯᠡᠪᠡ ᠃ᠬᠣᠰᠢᠭᠤᠨ

ᠬᠠᠮ ᠵᠠᠭᠤᠴᠢᠯᠠᠭᠤᠷ ᠤᠨ ᠲᠥᠪ ᠲᠦ ᠬᠤᠳᠠᠯᠳᠤᠭ᠎ᠠᠡᠷᠭᠢᠯᠡᠬᠦ ᠣᠷᠴᠢᠨ ᠠᠬᠤᠶ ᠶᠢ ᠰᠢᠯᠢᠳᠡᠭᠵᠢᠭᠦᠯᠬᠦ ᠬᠤᠳᠠᠯᠳᠤᠭ᠎ᠠ

ᠡᠷᠭᠢᠯᠡᠬᠦ ᠲᠥᠷᠥ ᠶᠢᠨ ᠪᠣᠳᠣᠯᠭ᠎ᠠ ᠶᠢᠲᠠᠨ ᠳᠤ ᠬᠠᠨᠢ ᠪᠣᠯᠭᠠᠶ᠎ᠠ ᠭᠡᠬᠦ ᠰᠤᠷᠪᠤᠯᠵᠢᠯᠠᠭ᠎ᠠ ᠶᠢᠨ ᠪᠤᠯᠤᠩ

ᠭᠠᠷᠭᠠᠵᠤ ᠂ ᠬᠣᠰᠢᠭᠤᠨᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠯᠪᠠᠨ

ᠬᠡᠷ ᠦᠨ ᠯᠢ ᠸᠧᠶ ᠰᠢᠩ ᠢᠤᠷᠢᠪᠠ ᠃

ᠬᠥᠲᠥᠯᠥᠭᠴᠢ ᠄ ᠯᠢ ᠡᠷᠬᠢᠯᠡᠭᠴᠢ ᠰᠠᠶᠢᠨ ᠦᠦ

ᠯᠢ ᠸᠧᠶ ᠰᠢᠩ ᠄ ᠬᠥᠲᠥᠯᠥᠭᠴᠢ ᠰᠠᠶᠢᠨ ᠤᠸ ᠂ ᠦᠵᠡᠭᠴᠢᠳᠰᠠᠶᠢᠨ ᠤᠸ ᠂ ᠨᠠᠶᠢᠵᠠ ᠨᠠᠷ ᠰᠠᠶᠢᠨ ᠤᠸ ᠃

ᠬᠥᠲᠥᠯᠥᠭᠴᠢ ᠄ ᠯᠢ ᠡᠷᠬᠢᠯᠡᠭᠴᠢ ᠡ ᠂ ᠬᠣᠰᠢᠭᠤᠨ ᠤ ᠰᠣᠶᠣᠯᠪᠠ ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠬᠦ

ᠠᠯᠪᠠᠨ ᠬᠡᠷ ᠲᠦ ᠭᠣᠸᠯᠳᠠᠭᠤ ᠶᠠᠮᠠᠷᠶᠠᠮᠠᠷ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠪᠠᠶᠢᠬᠤ ᠪᠣᠶ

ᠯᠢ ᠸᠧᠶ ᠰᠢᠩ ᠄ ᠬᠣᠰᠢᠭᠤᠨ ᠤ ᠰᠣᠶᠣᠯ ᠪᠠ ᠵᠢᠭᠤᠯᠴᠢᠯᠠᠯ ᠤᠨᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠯᠪᠠᠨ ᠬᠡᠷ

ᠭᠣᠸᠯᠳᠠᠭᠤ ᠰᠣᠶᠣᠯ ᠪᠠ ᠵᠢᠭᠤᠯᠴᠢᠯᠠᠯ ᠤᠨᠲᠣᠪᠴᠢᠶ᠎ᠠ ᠶᠢᠨ ᠬᠢᠨᠠᠨ ᠵᠥᠪᠰᠢᠶᠡᠷᠡᠬᠦ ᠵᠦᠶᠯᠡᠰ ᠢ

ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨᠲᠢᠩᠬᠢᠮ ᠳᠦ ᠣᠷᠣᠭᠤᠯᠵᠤ ᠲᠥᠪᠯᠡᠷᠡᠭᠦᠯᠦᠨ

ᠬᠢᠨᠠᠨ ᠵᠥᠪᠰᠢᠶᠡᠷᠡᠨ᠎ᠡ ᠃ ᠡᠭᠦᠨ ᠳᠦ ᠢᠨᠲ᠋ᠸᠷ ᠰᠦᠯᠵᠢᠶᠡᠨ ᠦᠰᠦᠯᠵᠢᠶᠡᠨ ᠳᠦ ᠣᠷᠣᠬᠤ ᠦᠶᠯᠡᠴᠢᠯᠡᠭᠡᠨ ᠦ

ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠶᠢ ᠬᠢᠨᠠᠨᠵᠥᠪᠰᠢᠶᠡᠷᠡᠬᠦ ᠂ ᠵᠤᠭ᠎ᠠ ᠴᠡᠩᠭᠡᠯ ᠦᠨ

ᠲᠠᠯᠠᠪᠤᠷ ᠭᠠᠵᠠᠷ ᠤᠨ ᠵᠤᠭ᠎ᠠ ᠴᠡᠩᠭᠡᠯ ᠦᠨ ᠲᠠᠯᠠᠪᠤᠷ ᠭᠠᠵᠠᠷ ᠤᠨᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠶᠢ

ᠬᠢᠨᠠᠨ ᠵᠥᠪᠰᠢᠶᠡᠷᠡᠬᠦ ᠪᠠ ᠵᠢᠭᠤᠯᠴᠢᠯᠠᠯ ᠤᠨᠵᠠᠭᠠᠯᠳᠤᠯᠭ᠎ᠠ ᠶᠢ ᠰᠢᠶᠳᠪᠦᠷᠢᠯᠡᠬᠦ ᠵᠡᠷᠭᠡ ᠰᠣᠶᠣᠯ ᠵᠢᠭᠤᠯᠴᠢᠯᠠᠯ ᠤᠨ

ᠬᠦᠷᠢᠶᠡᠨ ᠳᠡᠬᠢ ᠨᠡᠶᠢᠲᠡ 41 ᠵᠦᠶᠯ ᠦᠨ ᠬᠢᠨᠠᠨ ᠵᠥᠪᠰᠢᠶᠡᠷᠡᠬᠦ ᠲᠤᠬᠠᠶᠢᠯᠠᠭᠰᠠᠨ

ᠠᠵᠢᠯ ᠢᠪᠠᠭᠲᠠᠭᠠᠵᠤ ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠪᠠ ᠠᠵᠤ

ᠠᠬᠤᠶᠢᠯᠠᠯ ᠤᠨ ᠵᠠᠰᠠᠭ ᠤᠨᠶᠠᠪᠤᠳᠠᠯ ᠤᠨ ᠲᠢᠩᠬᠢᠮ ᠳᠦ ᠨᠢᠭᠡᠳᠦᠯᠲᠡᠶ ᠭᠦᠶᠴᠡᠳᠬᠡᠬᠦ ᠳᠦ ᠲᠥᠬᠥᠮ

ᠦᠵᠡᠭᠦᠯᠦᠨ᠎ᠡ ᠃

ᠬᠥᠲᠥᠯᠥᠭᠴᠢ ᠄ ᠣᠶᠢᠷ᠎ᠠ ᠶᠢᠨ ᠬᠤᠭᠤᠴᠠᠭᠠᠨ ᠳᠤ ᠰᠣᠶᠣᠯ ᠪᠠᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠬᠦ

ᠠᠯᠪᠠᠨ ᠬᠡᠷ ᠦᠨ ᠠᠵᠢᠯ ᠤᠨ ᠭᠣᠸᠯᠳᠠᠯᠭ᠎ᠠ ᠨᠢᠶᠠᠭᠤ ᠪᠣᠶ

ᠯᠢ ᠸᠧᠶ ᠰᠢᠩ ᠄ ᠣᠶᠢᠷ᠎ᠠ ᠶᠢᠨ ᠬᠤᠭᠤᠴᠠᠭᠠᠨ ᠤ ᠠᠵᠢᠯ ᠤᠨᠭᠣᠣᠯᠳᠠᠯᠭ᠎ᠠ ᠪᠣᠯ ᠳᠡᠭᠡᠳᠦ ᠱᠠᠲᠤᠨ ᠤ ᠬᠤᠳᠠᠯᠳᠤᠭ᠎ᠠ ᠡᠵᠡᠩᠨᠡᠬᠦ

ᠣᠷᠴᠢᠨ ᠲᠣᠭᠣᠷᠢᠨ ᠢᠰᠢᠯᠢᠳᠡᠭᠵᠢᠭᠦᠯᠬᠦ ᠠᠵᠢᠯ ᠤᠨ ᠪᠣᠳᠠᠲᠠᠶ ᠱᠠᠭᠠᠷᠳᠠᠯᠭ᠎ᠠ ᠶᠣᠰᠣᠭᠠᠷ ᠂ ᠭᠤᠷᠪᠠ ᠶᠢᠲᠥᠪᠯᠡᠷᠡᠭᠦᠯᠬᠦ ᠂

ᠭᠤᠷᠪᠠ ᠶᠢ ᠪᠣᠳᠠᠲᠠᠶᠢᠵᠢᠭᠤᠯᠬᠤ ᠠᠵᠢᠯ ᠤᠨᠪᠠᠶᠢᠷᠢᠯᠠᠭᠤᠯᠤᠯᠲᠠ ᠶᠢ ᠭᠣᠣᠯᠳᠠᠯᠭ᠎ᠠ ᠲᠠᠶ

ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠪᠣᠶ ᠪᠥᠬᠥᠶᠬᠢᠨᠠᠨ ᠵᠥᠪᠰᠢᠶᠡᠷᠡᠬᠦ ᠵᠦᠶᠯᠡᠰ ᠢ ᠡᠮᠬᠢᠯᠡᠨ

ᠵᠠᠰᠠᠭ ᠤᠨ ᠶᠠᠪᠤᠳᠠᠯ ᠤᠨ ᠶᠡᠬᠡ ᠲᠢᠩᠬᠢᠮ ᠳᠦ ᠣᠷᠣᠵᠤᠰᠠᠭᠤᠯᠭᠠᠬᠤ ᠶᠢᠨ ᠬᠠᠮᠲᠤ ᠡᠭᠦᠷᠭᠡ ᠴᠢᠳᠠᠪᠤᠷᠢ ᠡᠭᠦᠷᠭᠡ

ᠬᠠᠷᠢᠭᠤᠴᠠᠯᠭ᠎ᠠ ᠪᠠ ᠠᠵᠢᠯ ᠤᠨ ᠴᠤᠪᠤᠷᠠᠯ ᠢᠰᠢᠯᠢᠳᠡᠭᠵᠢᠭᠦᠯᠬᠦ ᠬᠠᠮᠢᠶ᠎ᠠ ᠪᠥᠬᠥᠶ ᠱᠠᠭᠠᠷᠳᠠᠯᠭ᠎ᠠ

ᠶᠣᠰᠣᠭᠠᠷ ᠂ ᠬᠢᠨᠠᠨ ᠵᠥᠪᠰᠢᠶᠡᠷᠡᠬᠦ ᠵᠦᠶᠯᠡᠰ ᠢᠪᠥᠬᠥ ᠲᠠᠯ᠎ᠠ ᠪᠠᠷ ᠡᠮᠬᠢᠯᠡᠨ ᠳᠢᠭᠯᠡᠵᠦ ᠂ ᠬᠡᠷᠡᠭ ᠭᠦᠶᠴᠡᠳᠬᠡᠬᠦ ᠴᠤᠪᠤᠷᠠᠯ ᠢ

ᠴᠣᠮᠬᠠᠳᠬᠠᠨ ᠂ᠭᠦᠶᠴᠡᠳᠬᠡᠬᠦ ᠴᠠᠭ ᠤᠨ ᠬᠢᠵᠠᠭᠠᠷ ᠢ ᠪᠠᠭᠠᠰᠬᠠᠵᠤ ᠂ ᠨᠢᠭᠡᠤᠳᠠᠭ᠎ᠠ ᠳᠤ ᠮᠡᠳᠡᠭᠳᠡᠬᠦ

ᠲᠦᠷᠢᠮ ᠵᠡᠷᠭᠡ ᠦᠶᠯᠡᠴᠢᠯᠡᠭᠡᠨ ᠦ ᠲᠦᠷᠢᠮ ᠢ ᠴᠢᠩᠭ᠎ᠠᠨᠠᠶᠢᠳᠠᠪᠤᠷᠢᠵᠢᠭᠤᠯᠤᠨ ᠂ ᠥᠷᠭᠡᠨ ᠣᠯᠠᠨ ᠲᠦᠮᠡᠨ

ᠪᠠ ᠠᠵᠤ ᠠᠬᠤᠶᠢᠯᠠᠯ ᠳᠤ ᠨᠠᠩ ᠴᠢᠨᠠᠷ ᠰᠠᠶᠢᠲᠠᠶ ᠂ ᠨᠠᠩᠳᠥᠭᠥᠮ ᠳᠥᠲᠡ ᠬᠢᠨᠠᠨ ᠵᠥᠪᠰᠢᠶᠡᠷᠡᠬᠦ ᠦᠶᠯᠡᠴᠢᠯᠡᠭᠡ ᠬᠠᠩᠭᠠᠨ᠎ᠠ

ᠬᠥᠲᠥᠯᠥᠭᠴᠢ ᠄ ᠡᠭᠦᠷᠭᠡ ᠴᠢᠳᠠᠪᠤᠷᠢ ᠡᠭᠦᠷᠭᠡᠬᠠᠷᠢᠭᠤᠴᠠᠯᠭ᠎ᠠ ᠪᠠ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠬᠦ

ᠲᠠᠯ᠎ᠠ ᠪᠠᠷ ᠶᠠᠮᠠᠷ ᠠᠷᠭ᠎ᠠᠬᠡᠮᠵᠢᠶ᠎ᠡ ᠪᠤᠶᠤ ᠦᠷ᠎ᠡ ᠪᠦᠲᠦᠮᠵᠢ ᠣᠯᠤᠭᠰᠠᠨ ᠪᠣᠶ

ᠯᠢ ᠸᠧᠶ ᠰᠢᠩ ᠄ ᠠᠵᠢᠯ ᠶᠠᠪᠤᠳᠠᠯ ᠡᠷᠭᠢᠯᠡᠵᠦ ᠪᠠᠶᠢᠭ᠎ᠠᠣᠯᠠᠨ ᠲᠦᠮᠡᠨ ᠪᠣᠯᠤᠨ ᠠᠵᠤ ᠠᠬᠤᠶᠢᠯᠠᠯ ᠳᠤ ᠨᠡᠩ ᠰᠠᠶᠢᠨ

ᠦᠢᠯᠡᠴᠢᠯᠡᠬᠦ ᠶᠢᠨ ᠲᠥᠯᠥᠭᠡ ᠂ ᠣᠳᠣᠬᠠᠨ ᠳᠤᠨᠢᠭᠡᠨᠲᠡ ᠬᠣᠯᠪᠣᠭᠳᠠᠯ ᠪᠥᠬᠥᠶ

ᠱᠠᠭᠠᠷᠳᠠᠯᠭ᠎ᠠ ᠶᠣᠰᠣᠭᠠᠷ ᠂ ᠪᠣᠶ ᠪᠥᠬᠥᠶ ᠬᠢᠨᠠᠨ ᠵᠥᠪᠰᠢᠶᠡᠷᠡᠬᠦᠲᠤᠬᠠᠶᠢᠯᠠᠭᠰᠠᠨ ᠠᠵᠢᠯ ᠢ

ᠴᠥᠮ ᠨᠢᠭᠡ ᠯᠡ ᠤᠳᠠᠭ᠎ᠠ ᠳᠤ ᠮᠡᠳᠡᠭᠳᠡᠬᠦ ᠶᠢ ᠪᠡᠶᠡᠯᠡᠭᠦᠯᠵᠦ ᠂ ᠨᠡᠶᠢᠲᠡ 3 ᠵᠦᠶᠯ ᠦᠨ ᠲᠤᠬᠠᠶᠢᠯᠠᠭᠰᠠᠨ ᠠᠵᠢᠯ ᠢ

ᠭᠥᠯᠢᠶᠡᠨ ᠠᠪᠴᠤᠰᠢᠶᠳᠪᠦᠷᠢᠯᠡᠬᠦ ᠶᠢ ᠨᠢᠭᠡᠨᠲᠡ ᠪᠡᠶᠡᠯᠡᠭᠦᠯᠵᠦ ᠂ 14 ᠵᠦᠶᠯ ᠦᠨ ᠲᠤᠬᠠᠶᠢᠯᠠᠭᠰᠠᠨ

ᠠᠵᠢᠯ ᠤᠨ ᠭᠦᠶᠴᠡᠳᠬᠡᠬᠦ ᠭᠣᠭᠴᠣᠭ᠎ᠠ ᠶᠢ ᠴᠣᠮᠬᠠᠳᠬᠠᠨ ᠂ 11 ᠵᠦᠶᠯ ᠦᠨ ᠲᠤᠬᠠᠶᠢᠯᠠᠭᠰᠠᠨ ᠠᠵᠢᠯ ᠤᠨ

ᠠᠮᠠᠯᠠᠯᠲᠠ ᠶᠢᠨ ᠭᠦᠶᠴᠡᠳᠬᠡᠬᠦᠴᠠᠭ ᠤᠨ ᠬᠢᠵᠠᠭᠠᠷ ᠢ ᠪᠠᠭᠠᠰᠬᠠᠵᠤ ᠂ ᠪᠣᠶ ᠪᠥᠬᠥᠶ

ᠠᠮᠠᠯᠠᠯᠲᠠ ᠶᠢᠨ ᠴᠠᠭ ᠤᠨ ᠬᠢᠵᠠᠭᠠᠷ ᠢ ᠴᠥᠮᠬᠣᠲᠠ ᠶᠢᠨ ᠬᠢ ᠡᠴᠡ ᠥᠨᠳᠥᠷ ᠪᠠᠶᠢᠯᠭᠠᠬᠤ

ᠥᠬᠡᠶ ᠂ ᠬᠡᠰᠡᠭ ᠲᠠᠯ᠎ᠠ ᠶᠢ ᠬᠣᠲᠠ ᠶᠢᠨ ᠬᠢ ᠡᠴᠡ ᠳᠣᠸᠷ᠎ᠠᠪᠠᠶᠢᠯᠭᠠᠬᠤ ᠶᠢ ᠦᠨᠡᠨ ᠬᠦ ᠪᠠᠲᠤᠯᠠᠵᠤ ᠂

ᠭᠦᠶᠴᠡᠳᠬᠡᠬᠦ ᠦᠷ᠎ᠡ ᠪᠦᠲᠦᠮᠵᠢ ᠶᠢ ᠪᠦᠲᠦᠮᠵᠢᠲᠡᠶᠳᠡᠭᠡᠭᠰᠢᠯᠡᠭᠦᠯᠪᠡ ᠃

ᠬᠥᠲᠥᠯᠥᠭᠴᠢ ᠄ ᠢᠩᠭᠢᠵᠦ ᠰᠢᠯᠢᠳᠡᠭᠵᠢᠭᠦᠯᠦᠭᠰᠡᠨ ᠦ ᠳᠠᠷᠠᠭ᠎ᠠ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠪᠤᠶᠤ ᠠᠵᠤ

ᠠᠬᠤᠶᠢᠯᠠᠯ ᠢ ᠥᠩᠭᠡᠷᠡᠭᠰᠡᠨ ᠦ ᠬᠢ ᠲᠡᠶᠬᠠᠷᠢᠴᠠᠭᠤᠯᠪᠠᠯ ᠰᠢᠶᠳᠪᠦᠷᠢᠯᠡᠬᠦ ᠠᠷᠭ᠎ᠠ ᠮᠠᠶ᠋ᠢᠭ ᠤᠨ ᠲᠠᠯ᠎ᠠ ᠪᠠᠷ ᠶᠠᠮᠠᠷ ᠨᠢᠭᠡᠨ

ᠠᠩᠬᠠᠷᠬᠤᠴᠢᠬᠤᠯᠠᠲᠠᠶ ᠬᠤᠪᠢᠷᠠᠯᠲᠠ ᠲᠠᠶ ᠪᠣᠯᠤᠭᠰᠠᠨ ᠤᠣ

ᠯᠢ ᠸᠧᠶ ᠰᠢᠩ ᠄ ᠣᠳᠣᠬᠠᠨ ᠳᠤ ᠣᠯᠠᠨ ᠲᠦᠮᠡᠨ ᠪᠤᠶᠤ ᠠᠵᠤᠠᠬᠤᠶᠢᠯᠠᠯ ᠬᠢᠨᠠᠨ ᠵᠥᠪᠰᠢᠶᠡᠷᠡᠬᠦ ᠤᠴᠢᠷ ᠶᠠᠪᠤᠳᠠᠯ  ᠢ

ᠭᠦᠶᠴᠡᠳᠬᠡᠬᠦ ᠳᠡᠭᠡᠨ ᠮᠠᠨ ᠤ ᠤᠲᠠᠰᠤ ᠪᠠᠷᠪᠤᠶᠤ ᠰᠦᠯᠵᠢᠶᠡᠨ ᠳᠡᠭᠡᠷ᠎ᠡ

ᠤᠷᠢᠳᠴᠢᠯᠠᠨ ᠬᠠᠷᠢᠯᠴᠠᠪᠠᠯ ᠪᠣᠯᠴᠢᠬᠠᠨ᠎ᠠ ᠂ ᠭᠦᠶᠴᠡᠳᠬᠡᠬᠦ ᠭᠣᠭᠴᠣᠭ᠎ᠠ ᠪᠠᠮᠠᠲ᠋ᠧᠷᠢᠶᠠᠯ  ᠢ

ᠲᠣᠭᠲᠠᠭᠠᠭᠰᠠᠨ ᠤ ᠳᠠᠷᠠᠭ᠎ᠠ ᠂ ᠵᠠᠰᠠᠭ ᠤᠨ ᠶᠠᠪᠤᠳᠠᠯ ᠤᠨ ᠲᠢᠩᠬᠢᠮ ᠳᠦ ᠨᠢᠭᠡ

ᠤᠳᠠᠭ᠎ᠠᠣᠴᠢᠵᠤ ᠂ ᠬᠢᠨᠠᠨ ᠵᠥᠪᠰᠢᠶᠡᠷᠡᠬᠦ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠂

ᠭᠦᠶᠴᠡᠳᠬᠡᠭᠰᠡᠨᠦᠷ᠎ᠡ ᠳ᠋ᠦᠩ  ᠢ ᠬᠦᠯᠢᠶᠡᠪᠡᠯ ᠪᠣᠯᠴᠢᠬᠠᠨ᠎ᠠ ᠃ᠥᠩᠭᠡᠷᠡᠭᠰᠡᠨ ᠦ

ᠨᠠᠷᠢᠨ ᠪᠤᠳᠤᠯᠢᠶᠠᠨᠲᠠᠶ ᠲᠠᠰᠳᠠᠷᠠᠭᠠᠯᠠᠯ ᠲᠠᠶ ᠬᠠᠷᠢᠴᠠᠭᠤᠯᠪᠠᠯ ᠂ ᠰᠢᠯᠢᠳᠡᠭᠵᠢᠭᠦᠯᠵᠦ ᠥᠩᠭᠡᠷᠡᠭᠰᠡᠨ ᠬᠢᠨᠠᠨ

ᠵᠥᠪᠰᠢᠶᠡᠷᠡᠬᠦᠵᠦᠶᠯᠡᠰ ᠦᠨ ᠬᠡᠷᠡᠭᠰᠡᠬᠦ ᠮᠠᠲ᠋ᠧᠷᠢᠶᠠᠯ ᠢ ᠪᠠᠭᠠᠰᠬᠠᠬᠤ ᠪᠠᠷ

ᠪᠠᠷᠠᠬᠤ ᠥᠬᠡᠶ ᠂ ᠰᠢᠶᠳᠪᠦᠷᠢᠯᠡᠬᠦᠴᠠᠭ ᠤᠨ ᠬᠢᠵᠠᠭᠠᠷ ᠢ ᠴᠤ ᠢᠯᠡᠳᠲᠡ ᠪᠣᠭᠣᠨᠢᠰᠬᠠᠵᠤ ᠂

ᠮᠠᠲ᠋ᠧᠷᠢᠶᠠᠯ ᠢᠶᠠᠨ ᠳᠠᠬᠢᠨ ᠳᠠᠪᠲᠠᠨ ᠲᠤᠰᠢᠶᠠᠬᠤᠶᠠᠷᠰᠢᠭ ᠠᠴᠠ ᠵᠠᠶᠢᠯᠠᠰᠬᠢᠵᠦ ᠂

ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠤᠨᠴᠠᠭ ᠪᠠ ᠣᠶᠤᠨ ᠴᠢᠳᠠᠯ ᠢ ᠲᠤᠶᠢᠯ ᠤᠨ

ᠶᠡᠬᠡ ᠪᠡᠷ ᠠᠷᠪᠢᠯᠠᠵᠤ ᠴᠢᠳᠠᠨ᠎ᠠ ᠃

ᠬᠥᠲᠥᠯᠥᠭᠴᠢ ᠄ ᠲᠠᠷᠠᠭᠠᠴᠢ ᠶᠢᠨ ᠠᠯᠬᠤᠮ ᠤᠨ ᠠᠵᠢᠯ ᠳᠤᠶᠠᠮᠠᠷ ᠲᠥᠯᠥᠪᠯᠡᠭᠡ ᠲᠡᠶ ᠪᠣᠶ

ᠯᠢ ᠸᠧᠶ ᠰᠢᠩ ᠄ ᠲᠠᠷᠠᠭᠠᠴᠢ ᠶᠢᠨ ᠠᠯᠬᠤᠮ ᠤᠨ ᠠᠵᠢᠯ ᠳᠤᠮᠳᠠ᠂ ᠬᠣᠰᠢᠭᠤᠨ ᠤ ᠰᠣᠶᠣᠯ ᠵᠢᠭᠤᠯᠴᠢᠯᠠᠯ ᠤᠨ

ᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠯᠪᠠᠨ ᠬᠡᠷ ᠦᠨᠬᠤᠷᠠᠯ ᠨᠢ ᠳᠡᠭᠡᠳᠦ ᠱᠠᠲᠤᠨ ᠤ

ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠠᠵᠢᠯ ᠤᠨ ᠪᠣᠳᠠᠲᠠᠶ ᠳᠠᠭᠠᠨᠲᠦᠰᠢᠭᠯᠡᠨ ᠂

ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ ᠢ ᠰᠢᠯᠢᠳᠡᠭᠵᠢᠭᠦᠯᠬᠦ ᠠᠵᠢᠯ ᠢ ᠭᠦᠨᠵᠡᠭᠡᠶᠠᠬᠢᠭᠤᠯᠵᠤ ᠂

ᠦᠶᠯᠡᠴᠢᠯᠡᠭᠡᠨ ᠦ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ ᠂ ᠣᠯᠠᠨᠲᠦᠮᠡᠨ ᠪᠠ ᠠᠵᠤ ᠠᠬᠤᠶᠢᠯᠠᠯ ᠳᠤ

ᠨᠠᠩ ᠴᠢᠨᠠᠷ ᠰᠠᠶᠢᠲᠠᠶ ᠬᠢᠨᠠᠨ ᠵᠥᠪᠰᠢᠶᠡᠷᠡᠬᠦ ᠦᠶᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠶᠴᠡᠳᠬᠡᠬᠦ ᠣᠯᠠᠨ

ᠲᠦᠮᠡᠨ ᠪᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠪᠠᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ

ᠠᠯᠬᠤᠮ ᠳᠡᠭᠡᠭᠰᠢᠯᠡᠭᠦᠯᠦᠨ᠎ᠡ ᠃

ᠬᠥᠲᠥᠯᠥᠭᠴᠢ᠄ ᠵᠠ ᠂ ᠯᠢ ᠡᠷᠬᠢᠯᠡᠭᠴᠢ ᠮᠠᠨ ᠤ ᠪᠤᠯᠤᠩ ᠳᠤ ᠠᠶᠢᠯᠴᠢᠯᠠᠭᠰᠠᠨ ᠳᠤ ᠲᠠᠯᠠᠷᠬᠠᠵᠤ ᠪᠠᠶᠢᠨ᠎ᠠ ᠂ ᠪᠢᠳᠡᠣᠯᠠᠨ ᠳᠤ

ᠬᠣᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠵᠢᠯ ᠤᠨᠡᠭᠦᠷᠭᠡ ᠶᠢ

ᠣᠶᠢᠯᠠᠭᠠᠭᠤᠯᠪᠠ ᠂ ᠲᠡᠭᠡᠪᠡᠯ ᠥᠨᠥᠳᠦᠷ ᠦᠨ ᠲᠣᠭᠯᠠᠯᠲᠠ ᠡᠨᠳᠡ ᠬᠦᠷᠦᠭᠡᠳ ᠳᠠᠭᠤᠰᠤᠯ᠎ᠠ

᠂ᠲᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠳᠠᠬᠢᠨ ᠵᠣᠯᠭᠠᠶ᠎ᠠ ᠃

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©                      蒙ICP备05070829号